ᠡᠷᠬᠡ ᠵᠦᠢ ᠶᠢᠨ ᠠᠺᠲ

ᠮᠣᠩᠭᠣᠯ ᠤᠯᠤᠰ ᠤᠨ ᠦᠨᠳᠦᠰᠦᠨ ᠬᠠᠤᠯᠢ ᠳᠤ

ᠬᠠᠤᠯᠢ ᠳᠤ ᠵᠢᠭᠠᠭᠰᠠᠨ ᠦᠨᠳᠦᠰᠦᠯᠡᠯ᠂ ᠵᠢᠷᠤᠮ ᠤᠨ ᠳᠠᠭᠠᠤ ᠰᠢᠭᠦᠭᠴᠢ ᠶᠢ ᠠᠯᠪᠠᠨ ᠲᠤᠰᠢᠶᠠᠯ ᠠᠴᠠ ᠨᠢ ᠲᠦᠳᠡᠭᠡᠯᠵᠡᠭᠦᠯᠬᠦ᠂ ᠣᠭᠴᠣᠷᠠᠭᠤᠯᠬᠤ ᠪᠣᠯᠤᠨ ᠰᠠᠬᠢᠯᠭ᠎ᠠ ᠶᠢᠨ ᠪᠤᠰᠤᠳ ᠰᠢᠳᠬᠡᠯ ᠨᠣᠭᠳᠠᠭᠤᠯᠬᠤ ᠴᠢᠭ ᠡᠭᠦᠷᠭᠡ ᠪᠦᠬᠦᠢ ᠰᠢᠭᠦᠬᠦ ᠶᠢᠨ ᠰᠠᠬᠢᠯᠭ᠎ᠠ ᠶᠢᠨ ᠬᠣᠷᠢᠶ᠎ᠠ ᠠᠵᠢᠯᠯᠠᠬᠤ ᠪᠥᠭᠡᠳ ᠲᠡᠭᠦᠨ ᠦ ᠪᠦᠷᠢᠨ ᠡᠷᠬᠡ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠵᠢᠷᠤᠮ᠂ ᠪᠦᠷᠢᠯᠳᠦᠬᠦᠨ ᠳᠦ ᠲᠠᠯᠪᠢᠬᠤ ᠱᠠᠭᠠᠷᠳᠠᠯᠭ᠎ᠠ᠂ ᠲᠤᠮᠢᠯᠠᠬᠤ ᠵᠢᠷᠤᠮ ᠢ ᠬᠠᠤᠯᠢ ᠪᠠᠷ ᠲᠣᠭᠲᠠᠭᠠᠨ᠎ᠠ᠃

ᠦᠨᠳᠦᠰᠦᠨ ᠦᠢᠯᠡ ᠠᠵᠢᠯᠯᠠᠭ᠎ᠠ ᠴᠢᠭ ᠡᠭᠦᠷᠭᠡ.

ᠰᠢᠭᠦᠬᠦ ᠶᠢᠨ ᠲᠤᠬᠠᠢ ᠬᠠᠤᠯᠢ ᠶᠢᠨ 95 ᠳ᠋ᠤᠭᠠᠷ ᠵᠦᠢᠯ ᠦᠨ 95.1 ᠳ᠋ᠡᠬᠢ ᠬᠡᠰᠡᠭ ᠲᠦ ᠡᠨᠡ ᠬᠠᠤᠯᠢ ᠳᠤ ᠵᠢᠭᠠᠭᠰᠠᠨ ᠦᠨᠳᠦᠰᠦᠯᠡᠯ᠂ ᠵᠢᠷᠤᠮ ᠤᠨ ᠳᠠᠭᠠᠤ ᠰᠢᠭᠦᠭᠴᠢ ᠶᠢ ᠠᠯᠪᠠᠨ ᠲᠤᠰᠢᠶᠠᠯ ᠠᠴᠠ ᠨᠢ ᠲᠦᠳᠡᠭᠡᠯᠵᠡᠭᠦᠯᠬᠦ᠂ ᠣᠭᠴᠣᠷᠠᠭᠤᠯᠬᠤ ᠪᠣᠯᠤᠨ ᠰᠠᠬᠢᠯᠭ᠎ᠠ ᠶᠢᠨ ᠪᠤᠰᠤᠳ ᠰᠢᠳᠬᠡᠯ ᠣᠨᠣᠭᠳᠠᠭᠤᠯᠬᠤ ᠴᠢᠭ ᠡᠭᠦᠷᠭᠡ ᠪᠦᠬᠦᠢ ᠪᠡᠶ᠎ᠡ ᠳᠠᠭᠠᠭᠰᠠᠨ ᠪᠠᠶᠢᠭᠤᠯᠤᠯᠭ᠎ᠠ ᠪᠣᠯᠬᠤ ᠰᠠᠬᠢᠯᠭ᠎ᠠ ᠶᠢᠨ ᠬᠣᠷᠢᠶ᠎ᠠ ᠠᠵᠢᠯᠯᠠᠬᠤ ᠪᠥᠭᠡᠳ ᠤᠯᠤᠰ ᠤᠨ ᠬᠡᠮᠵᠢᠶᠡᠨ ᠳᠦ ᠨᠢᠭᠡ ᠪᠠᠶᠢᠨ᠎ᠠ᠃

ᠮᠣᠩᠭᠣᠯ ᠳᠤ ᠰᠢᠭᠦᠬᠦ ᠶᠢᠨ ᠰᠢᠳᠤᠷᠭᠤ ᠲᠣᠭᠲᠠᠯᠴᠠᠭ᠎ᠠ ᠶᠢ ᠬᠠᠩᠭᠠᠬᠤ᠂ ᠰᠢᠭᠦᠬᠦ ᠶᠢᠨ ᠭᠠᠳᠠᠨ᠎ᠠ ᠠᠴᠠ ᠬᠠᠷᠠᠭᠠᠲᠤ ᠪᠤᠰᠤ ᠪᠠᠶᠢᠳᠠᠯ ᠢ ᠬᠠᠩᠭᠠᠬᠤ᠂ ᠰᠢᠳᠤᠷᠭᠤ ᠶᠣᠰᠣ ᠶᠢ ᠬᠡᠷᠡᠭᠵᠢᠭᠦᠯᠬᠦ ᠳᠦ ᠢᠷᠭᠡᠳ ᠦᠨ ᠣᠷᠣᠯᠴᠠᠭ᠎ᠠ ᠶᠢ ᠨᠡᠮᠡᠭᠳᠡᠭᠦᠯᠬᠦ ᠵᠣᠷᠢᠯᠭ᠎ᠠ ᠲᠠᠢ ᠮᠣᠩᠭᠣᠯ ᠤᠯᠤᠰ ᠤᠨ ᠰᠢᠭᠦᠬᠦ ᠶᠢᠨ ᠲᠤᠬᠠᠢ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢ ᠤᠯᠤᠰ ᠤᠨ ᠶᠡᠬᠡ ᠬᠤᠷᠠᠯ 2021 ᠣᠨ ᠤ 1 ᠳᠦᠭᠡᠷ ᠰᠠᠷ᠎ᠠ ᠶᠢᠨ 15 ᠍ ᠤ ᠡᠳᠦᠷ ᠪᠠᠲᠤᠯᠠᠭᠰᠠᠨ ᠨᠢ ᠱᠤᠳᠤᠷᠭ᠎ᠠ ᠶᠣᠰᠣ ᠶᠢ ᠲᠥᠯᠦᠪᠰᠢᠭᠦᠯᠬᠦ ᠳᠦ ᠨᠢᠭᠡ ᠠᠯᠬᠤᠮ ᠪᠣᠯᠤᠯ᠎ᠠ᠃