ᠪᠦᠲᠦᠴᠡ᠂ ᠵᠣᠬᠢᠶᠠᠨ ᠪᠠᠶᠢᠭᠤᠯᠤᠯᠲᠠ

-ᠮᠣᠩᠭᠣᠯ ᠤᠯᠤᠰ ᠤᠨ ᠰᠠᠬᠢᠯᠭ᠎ᠠ ᠶᠢᠨ ᠬᠣᠷᠢᠶᠠᠨ ᠤ ᠪᠦᠲᠦᠴᠡ᠂ ᠪᠦᠷᠢᠯᠳᠦᠬᠦᠨ

ᠮᠣᠩᠭᠣᠯ ᠤᠯᠤᠰ ᠤᠨ ᠰᠢᠭᠦᠬᠦ ᠶᠢᠨ ᠲᠤᠬᠠᠢ ᠬᠠᠤᠯᠢ /ᠰᠢᠨᠡᠴᠢᠯᠡᠭᠰᠡᠨ ᠨᠠᠶᠢᠷᠠᠭᠤᠯᠭ᠎ᠠ/ - ᠢ ᠠᠴᠠ

ᠮᠣᠩᠭᠣᠯ ᠤᠯᠤᠰ ᠤᠨ ᠰᠢᠭᠦᠬᠦ ᠶᠢᠨ ᠲᠤᠬᠠᠢ ᠬᠠᠤᠯᠢ ᠶᠢᠨ 95 ᠳ᠋ᠤᠭᠠᠷ ᠵᠦᠢᠯ ᠦᠨ 95.2 ᠳ᠋ᠡᠬᠢ ᠬᠡᠰᠡᠭ ᠲᠦ ᠰᠠᠬᠢᠯᠭ᠎ᠠ ᠶᠢᠨ ᠬᠣᠷᠢᠶ᠎ᠠ ᠣᠷᠣᠨ ᠲᠣᠭᠠᠨ ᠤ ᠶᠢᠰᠦᠨ ᠭᠡᠰᠢᠭᠦᠨ ᠡᠴᠡ ᠪᠥᠷᠢᠳᠦᠨ᠎ᠡ᠃

95.4 ᠳ᠋ᠠᠬᠢ ᠬᠡᠰᠡᠭ ᠲᠦ᠄ ᠰᠠᠬᠢᠯᠭ᠎ᠠ ᠶᠢᠨ ᠬᠣᠷᠢᠶᠠᠨ ᠤ ᠪᠦᠷᠢᠯᠳᠦᠬᠦᠨ ᠳᠦ ᠬᠢᠨᠠᠯᠲᠠ ᠶᠢᠨ ᠱᠠᠲᠤᠨ ᠤ ᠰᠢᠭᠦᠬᠦ ᠡᠴᠡ ᠨᠢᠭᠡ᠂ ᠳᠠᠪᠠᠵᠤ ᠵᠠᠭᠠᠯᠳᠤᠬᠤ ᠱᠠᠲᠤᠨ ᠤ ᠰᠢᠭᠦᠬᠦ ᠡᠴᠡ ᠬᠣᠶᠠᠷ᠂ ᠠᠩᠬᠠᠨ ᠱᠠᠲᠤᠨ ᠤ ᠰᠢᠭᠦᠬᠦ ᠡᠴᠡ ᠨᠢᠭᠡ ᠰᠢᠭᠦᠭᠴᠢ ᠶᠢ ᠨᠡᠶᠢᠲᠡ ᠰᠢᠭᠦᠭᠴᠢ ᠶᠢᠨ ᠴᠢᠭᠤᠯᠭᠠᠨ ᠠᠴᠠ ᠨᠢᠭᠤᠴᠠ ᠰᠠᠨᠠᠯ ᠬᠤᠷᠢᠶᠠᠯᠲᠠ ᠪᠠᠷ ᠰᠣᠩᠭᠣᠵᠤ᠂ ᠰᠠᠬᠢᠯᠭ᠎ᠠ ᠶᠢᠨ ᠬᠣᠷᠢᠶᠠᠨ ᠤ ᠪᠦᠷᠢᠯᠳᠦᠬᠦᠨ ᠳᠦ ᠣᠷᠣᠬᠤ ᠪᠤᠰᠤᠳ ᠲᠠᠪᠤᠨ ᠭᠡᠰᠢᠭᠦᠨ ᠢ ᠨᠡᠭᠡᠭᠡᠯᠲᠡ ᠲᠡᠢ ᠰᠣᠩᠭᠣᠨ ᠰᠢᠯᠭᠠᠷᠠᠭᠤᠯᠤᠯᠲᠠ ᠶᠢᠨ ᠦᠨᠳᠦᠰᠦᠨ ᠳᠡᠭᠡᠷ᠎ᠡ ᠤᠯᠤᠰ ᠤᠨ ᠶᠡᠬᠡ ᠬᠤᠷᠠᠯ ᠲᠣᠮᠢᠯᠠᠨ᠎ᠠ᠃ ᠰᠠᠬᠢᠯᠭ᠎ᠠ ᠶᠢᠨ ᠬᠣᠷᠢᠶᠠᠨ ᠤ ᠰᠢᠭᠦᠭᠴᠢ ᠪᠤᠰᠤ ᠭᠡᠰᠢᠭᠦᠨ ᠨᠢ ᠰᠢᠭᠦᠭᠴᠢ ᠪᠡᠷ ᠠᠵᠢᠯᠯᠠᠵᠤ ᠪᠠᠶᠢᠭ᠎ᠠ ᠦᠭᠡᠢ ᠢᠷᠭᠡᠨ ᠪᠠᠶᠢᠨ᠎ᠠ᠃

95.9 ᠳᠠᠬᠢ ᠬᠡᠰᠡᠭ ᠲᠦ᠄ ᠰᠠᠬᠢᠯᠭ᠎ᠠ ᠶᠢᠨ ᠬᠣᠷᠢᠶᠠᠨ ᠤ ᠭᠡᠰᠢᠭᠦᠨ ᠦ ᠪᠦᠷᠢᠨ ᠡᠷᠬᠡ ᠶᠢᠨ ᠬᠤᠭᠤᠴᠠᠭ᠎ᠠ ᠵᠢᠷᠭᠤᠭᠠᠨ ᠵᠢᠯ ᠪᠠᠶᠢᠬᠤ ᠪᠥᠭᠡᠳ ᠵᠥᠪᠬᠡᠨ ᠨᠢᠭᠡ ᠤᠳᠠᠭ᠎ᠠ ᠰᠣᠩᠭᠣᠭᠳᠠᠵᠤ᠂ ᠲᠣᠮᠢᠯᠠᠭᠳᠠᠨ᠎ᠠ᠃ ᠰᠠᠬᠢᠯᠭ᠎ᠠ ᠶᠢᠨ ᠬᠣᠷᠢᠶᠠᠨ ᠤ ᠭᠡᠰᠢᠭᠦᠨ ᠦ ᠪᠥᠷᠢᠨ ᠡᠷᠬᠡ ᠰᠣᠩᠭᠣᠭᠳᠠᠵᠤ᠂ ᠲᠣᠮᠢᠯᠠᠭᠳᠠᠭᠰᠠᠨ᠎ᠠ ᠪᠠᠷ ᠡᠬᠢᠯᠡᠵᠦ᠂ ᠳᠠᠷᠤᠭ᠎ᠠ ᠶᠢᠨ ᠭᠡᠰᠢᠭᠦᠨ ᠰᠣᠩᠭᠣᠭᠳᠠᠵᠤ᠂ ᠲᠣᠮᠢᠯᠠᠭᠳᠠᠭᠰᠠᠨ᠎ᠠ ᠪᠠᠷ ᠳᠠᠭᠤᠰᠬᠠᠪᠤᠷᠢ ᠪᠣᠯᠤᠨ᠎ᠠ᠃